Хаах

ᠮᠡᠷᠭᠡᠵᠢᠯ ᠦᠨ ᠪᠣᠯᠪᠠᠰᠤᠷᠠᠯ᠂ ᠮᠡᠳᠡᠭᠡᠯᠡᠯ ᠦᠨ ᠲᠧᠭᠨᠣᠯᠣᠭᠢ ᠶᠢᠨ ᠴᠢᠭᠯᠡᠯ ᠢᠶᠡᠷ pearson  ᠲᠠᠢ ᠬᠠᠮᠲᠤᠷᠠᠨ ᠠᠵᠢᠯᠯᠠᠨ᠎ᠠ᠃

A- A A+
ᠮᠡᠷᠭᠡᠵᠢᠯ ᠦᠨ ᠪᠣᠯᠪᠠᠰᠤᠷᠠᠯ᠂ ᠮᠡᠳᠡᠭᠡᠯᠡᠯ ᠦᠨ ᠲᠧᠭᠨᠣᠯᠣᠭᠢ ᠶᠢᠨ ᠴᠢᠭᠯᠡᠯ ᠢᠶᠡᠷ pearson  ᠲᠠᠢ ᠬᠠᠮᠲᠤᠷᠠᠨ ᠠᠵᠢᠯᠯᠠᠨ᠎ᠠ᠃

pearson ᠠᠩᠺᠯᠢ ᠬᠡᠯᠡᠨ ᠦ ᠫᠯᠠᠲ᠋ᠹᠣᠷᠮ ᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠲᠤ ᠨᠡᠪᠲᠡᠷᠡᠭᠦᠯᠵᠦ ᠡᠬᠢᠯᠡᠭᠡᠳ ᠪᠠᠶᠢᠭ᠎ᠠ ᠪᠢᠯᠡ᠃ ᠡᠨᠡ ᠤᠳᠠᠭ᠎ᠠ ᠳᠠᠷᠠᠭ᠎ᠠ ᠶᠢᠨ ᠬᠠᠮᠲᠤ ᠶᠢᠨ ᠠᠵᠢᠯᠯᠠᠭ᠎ᠠ ᠶᠢ ᠡᠬᠢᠯᠡᠭᠦᠯᠬᠦ ᠪᠡᠷ ᠣᠩᠯᠠᠢᠨ ᠬᠤᠷᠠᠯ ᠵᠣᠬᠢᠶᠠᠨ ᠪᠠᠶᠢᠭᠤᠯᠤᠯ᠎ᠠ᠃
      pearson btec  ᠦᠨ ᠮᠡᠷᠭᠡᠵᠢᠯ ᠦᠨ ᠪᠣᠯᠪᠠᠰᠤᠷᠠᠯ ᠤᠨ ᠣᠯᠠᠨ ᠤᠯᠤᠰ ᠤᠨ ᠬᠥᠲᠥᠯᠪᠦᠷᠢ ᠶᠢ 5 ᠮᠡᠷᠭᠡᠵᠢᠯ ᠦᠨ ᠪᠣᠯᠪᠠᠰᠤᠷᠠᠯ ᠰᠤᠷᠭᠠᠯᠲᠠ ᠶᠢᠨ ᠪᠠᠶᠢᠭᠤᠯᠤᠯᠭ᠎ᠠ ᠳᠤ ᠬᠡᠷᠡᠭᠵᠢᠭᠦᠯᠬᠦ ᠭᠡᠵᠦ ᠪᠠᠶᠢᠨ᠎ᠠ᠃ btec ᠬᠥᠲᠥᠯᠪᠦᠷᠢ ᠪᠡᠷ ᠵᠢᠯ ᠪᠦᠷᠢ 1 ᠰᠠᠶ᠎ᠠ ᠣᠶᠤᠲᠠᠨ ᠲᠡᠭᠦᠰᠬᠡᠳᠡᠭ᠃ 15 ᠴᠢᠭᠯᠡᠯ ᠦᠨ 2000 ᠭᠠᠷᠤᠢ ᠬᠥᠲᠥᠯᠪᠦᠷᠢ ᠨᠢ ᠳᠡᠯᠡᠬᠡᠢ ᠶᠢᠨ 70 ᠣᠷᠣᠨ ᠳᠤ ᠬᠦᠯᠢᠶᠡᠨ ᠵᠥᠪᠰᠢᠶᠡᠷᠡᠭᠳᠡᠳᠡᠭ᠌᠃ 300 ᠭᠠᠷᠤᠢ ᠶᠡᠬᠡ᠂ ᠳᠡᠭᠡᠳᠦ ᠰᠤᠷᠭᠠᠭᠤᠯᠢ ᠳᠤ ᠰᠢᠭᠤᠳ ᠡᠯᠡᠰᠦᠨ ᠰᠤᠷᠬᠤ ᠪᠣᠯᠤᠮᠵᠢ ᠲᠠᠢ᠃
      pearson iprogress ᠮᠡᠳᠡᠭᠡᠯᠡᠯ ᠦᠨ ᠲᠧᠭᠨᠣᠯᠣᠭᠢ ᠶᠢᠨ ᠣᠯᠠᠨ ᠤᠯᠤᠰ ᠤᠨ ᠬᠥᠲᠥᠯᠪᠦᠷᠢ ᠶᠢ ᠶᠡᠷᠦᠩᠬᠡᠢ ᠪᠣᠯᠪᠠᠰᠤᠷᠠᠯ ᠤᠨ ᠶᠡᠬᠡ ᠰᠤᠷᠭᠠᠭᠤᠯᠢ ᠨᠤᠭᠤᠳ ᠲᠤ ᠮᠥᠨ ᠬᠡᠷᠡᠭᠵᠢᠭᠦᠯᠬᠦ ᠲᠠᠯ᠎ᠠ ᠪᠠᠷ ᠣᠩᠯᠠᠢᠨ ᠠᠭᠤᠯᠵᠠᠯᠲᠠ ᠶᠢᠨ ᠦᠶ᠎ᠡ ᠪᠡᠷ ᠰᠠᠨᠠᠯ ᠰᠣᠯᠢᠯᠴᠠᠯ᠎ᠠ᠃ ᠡᠭᠦᠨ ᠦ ᠲᠤᠯᠠᠳᠠ ᠪᠠᠭᠰᠢ᠂ ᠬᠦᠮᠦᠨ ᠦ ᠨᠥᠭᠡᠴᠡ ᠶᠢ ᠪᠡᠯᠡᠳᠬᠡᠬᠦ᠂ ᠰᠤᠷᠭᠠᠬᠤ᠂ ᠰᠤᠷᠬᠤ ᠪᠢᠴᠢᠭ᠂ ᠳ᠋ᠢᠵᠢᠲ᠋ᠠᠯ᠎ ᠬᠡᠷᠡᠭᠯᠡᠭᠳᠡᠬᠦᠨ ᠢᠶᠡᠷ ᠬᠠᠩᠭᠠᠬᠤ ᠠᠵᠢᠯ ᠤᠳ ᠢ ᠨᠡᠩ ᠳᠠᠷᠤᠢ ᠡᠬᠢᠯᠡᠭᠦᠯᠬᠦ ᠪᠡᠷ ᠪᠣᠯᠤᠯ᠎ᠠ᠃